ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠣᠯᠪᠠᠰᠤᠨ ᠵᠠᠮ ᠬᠠᠷᠢᠯᠴᠠᠭᠠᠨ ᠤ ᠤᠬᠠᠮᠰᠠᠷ ᠢ ᠤᠯᠠᠮ ᠨᠢᠭᠡ | ᠠᠯᠬᠤᠮ ᠴᠢᠩᠭᠠᠳᠬᠠᠵᠤ᠂ ᠠᠮᠤᠷ ᠲᠦᠪᠰᠢᠨ ᠡᠮᠬᠢ ᠵᠢᠷᠤᠮ ᠲᠠᠢ ᠣᠷᠴᠢᠨ ᠲᠣᠭᠤᠷᠢᠨ ᠢ ᠪᠣᠶ ᠪᠣᠯᠭᠠᠬᠤ ᠶᠢᠨ | ᠲᠥᠯᠥᠭᠡ᠂ 6 ᠰᠠᠷ᠎ᠠ ᠶᠢᠨ 4 ᠤ ᠡᠳᠦᠷ᠂ ᠷᠡᠰᠢᠶᠠᠨ ᠬᠤᠳᠡ ᠶᠢᠨ ᠸᠧᠨᠴᠢᠤᠸᠠᠨ ᠵᠡᠭᠡᠯᠢ ᠶᠢᠨ ᠱᠧᠨᠴᠢᠤᠸᠠᠨ ᠨᠡᠶᠢᠭᠡᠮ | ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠣᠶᠢᠯᠡᠳᠦᠯᠭᠡ ᠶᠢᠨ ᠥᠷᠲᠡᠭᠡ ︽ᠪᠣᠯᠪᠠᠰᠤᠨ ᠵᠠᠮ | ᠬᠠᠷᠢᠯᠴᠠᠭ᠎ᠠ ᠶᠢ ᠲᠦᠮᠡᠨ ᠡᠷᠦᠬᠡ ᠨᠡᠶᠢᠭᠡᠮ ᠲᠣᠭᠤᠷᠢᠭ ᠲᠤ ᠣᠷᠣᠭᠤᠯᠵᠤ ᠬᠥᠮᠦᠰ ᠤᠨ ᠰᠡᠳᠬᠢᠯ ᠢ ᠳᠤᠯᠠᠭᠠᠴᠠᠭᠤᠯᠬᠤ | ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠣᠯᠪᠠᠰᠤᠨ ᠵᠠᠮ ᠬᠠᠷᠢᠯᠴᠠᠭᠠᠨ ᠤ ᠣᠶᠢᠯᠠᠭᠠᠭᠳᠠᠬᠤᠨ ᠢ ᠡᠷᠦᠬᠡ | ᠪᠣᠯᠭᠠᠨ ᠬᠦᠮᠣᠨ ᠪᠦᠬᠦᠨ ᠳᠤ ᠬᠦᠷᠭᠡᠪᠡ᠃ | ᠠᠵᠢᠯᠯᠠᠭ᠎ᠠ ᠶᠢᠨ ᠳᠤᠮᠳᠠ᠂ ᠰᠠᠶᠢᠨ ᠳᠤᠷᠡᠴᠣᠣᠯ ᠳᠤᠭᠤᠶᠢᠯᠠᠩ ᠬᠤᠪᠢᠶᠠᠨ ᠬᠥᠳᠡᠯᠦᠯᠴᠡᠵᠦ᠂ ᠬᠠᠷᠢᠶ᠎ᠠ | ᠣᠷᠣᠨ ᠤ ᠰᠠᠭᠤᠭᠠᠯᠢ ᠠᠷᠠᠳ᠂ ᠬᠤᠳᠠᠯᠳᠤᠭᠠᠴᠢᠨ ᠡᠷᠣᠭᠡ ᠶᠢᠨ ᠭᠡᠷ ᠢᠶᠠᠷ ᠭᠦᠨᠵᠡᠭᠡᠶᠢᠷᠡᠨ ᠤᠬᠠᠭᠤᠯᠭ᠎ᠠ ᠶᠢᠨ ᠭᠠᠷ | ᠠᠪᠤᠯᠭ᠎ᠠ ᠶᠢ ᠲᠠᠷᠬᠠᠭᠠᠪᠠ᠃ ᠡᠷᠦᠬᠡ ᠪᠣᠯᠭᠠᠨ ᠳᠤ ᠰᠠᠶᠢᠨ ᠳᠤᠷᠡᠴᠣᠣᠯ ᠴᠠᠬᠢᠯᠭᠠᠨ ᠬᠥᠳᠡᠯᠭᠡᠭᠦᠷᠲᠦ ᠲᠡᠷᠭᠡ ᠣᠨᠣᠬᠤ | ᠳᠤ ᠠᠮᠤᠷ ᠲᠦᠪᠰᠢᠨ ᠤ ᠳᠤᠭᠤᠯᠠᠭ᠎ᠠ ᠵᠡᠭᠦᠬᠦ᠂ ᠮᠠᠰᠢᠨᠲᠤ ᠲᠡᠷᠭᠡᠨ ᠳᠤ ᠰᠠᠭᠤᠬᠤ ᠳᠤ ᠠᠮᠤᠷ ᠲᠦᠪᠰᠢᠨ ᠤ | ᠪᠦᠰᠡ ᠪᠠᠨ ᠪᠦᠰᠠᠯᠠᠬᠦ᠂ ᠵᠠᠮ ᠬᠠᠷᠢᠯᠴᠠᠭᠠᠨ ᠤ ᠳᠣᠬᠢᠶᠠᠨ ᠳ᠋ᠧᠩ ᠢ ᠵᠢᠷᠤᠮᠯᠠᠬᠤ᠂ ᠠᠷᠢᠬᠢ ᠤᠤᠭᠤᠭᠰᠠᠨ ᠤ ᠳᠠᠷᠠᠭ᠎ᠠ | ᠲᠡᠷᠭᠡ ᠵᠢᠯᠣᠭᠤᠳᠬᠤ ᠦᠭᠡᠢ ᠵᠡᠷᠭᠡ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠰᠠᠭᠤᠭᠠᠯᠢ ᠠᠷᠠᠳ ᠲᠤ | ᠬᠦᠯᠢᠴᠡᠩᠭᠦᠶ ᠨᠠᠷᠢᠨ ᠨᠢᠮᠪᠠᠶ ᠲᠠᠶᠢᠯᠪᠤᠷᠢᠯᠠᠵᠤ᠂ ᠰᠠᠭᠤᠭᠠᠯᠢ ᠠᠷᠠᠳ ᠤᠨ ᠳᠤᠷ᠎ᠠ ᠪᠠᠷ ᠢᠶᠠᠨ ᠵᠠᠮ ᠬᠡᠳᠣᠯᠬᠦ᠂ ᠵᠠᠮ | ᠤᠨ ᠲᠣᠬᠢᠶᠠᠨ ᠤ ᠳ᠋ᠧᠩ ᠤᠨ ᠵᠢᠯᠣᠭᠤᠳᠣᠯᠭ᠎ᠠ ᠶᠢ ᠬᠠᠮᠢᠶᠠᠷᠬᠤ ᠦᠭᠡᠢ ᠵᠡᠷᠭᠡ ᠵᠠᠮ ᠬᠠᠷᠢᠯᠴᠠᠭᠠᠨ ᠤ ᠮᠠᠭᠤ | ᠳᠠᠳᠬᠠᠯ ᠢ ᠲᠠᠶᠠᠭᠳᠠᠬᠤ ᠪᠡ ᠪᠣᠯᠪᠠᠰᠤᠨ ᠢᠶᠠᠷ ᠶᠠᠪᠣᠵᠣ ᠰᠠᠭᠤᠬᠤ ᠶᠢ ᠰᠠᠨᠠᠭᠠᠴᠢᠯᠠᠵᠡᠢ᠃ | ᠲᠣᠰ ᠤᠳᠠᠭᠠᠨ ᠤ ᠤᠬᠠᠭᠤᠯᠬᠤ ᠠᠵᠢᠯᠯᠠᠭ᠎ᠠ ᠨᠢ ᠨᠢᠭᠤᠷᠲᠠᠨ ᠶᠠᠷᠢᠯᠴᠠᠬᠤ ᠪᠠ ᠤᠬᠠᠭᠤᠯᠬᠤ ᠪᠠᠷ ᠳᠠᠮᠵᠢᠭᠤᠯᠤᠨ | ᠂ ᠰᠠᠭᠤᠭᠠᠯᠢ ᠠᠷᠠᠳ ᠤᠨ ᠪᠣᠯᠪᠠᠰᠤᠨ ᠵᠠᠮ ᠬᠠᠷᠢᠯᠴᠠᠭᠠᠨ ᠤ ᠲᠤᠬᠠᠶ ᠮᠡᠳᠡᠷᠡᠮᠵᠢ ᠶᠢᠨ ᠬᠡᠮᠵᠢᠶ᠎ᠡ ᠪᠠ ᠣᠷᠣᠯᠴᠠᠬᠤ | ᠬᠡᠮᠵᠢᠶ᠎ᠡ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠪᠣᠯᠪᠠᠰᠤᠨ ᠵᠠᠮ ᠬᠠᠷᠢᠯᠴᠠᠭᠠᠨ ᠤ ᠣᠶᠢᠯᠠᠭᠠᠭᠳᠠᠬᠤᠨ ᠢ | ᠬᠥᠮᠦᠰ ᠤᠨ ᠰᠡᠳᠬᠢᠯ ᠳᠤ ᠬᠠᠳᠠᠩᠰᠢᠭᠤᠯᠵᠠᠶ᠃ |