6 ᠰᠠᠷ᠎ᠠ ᠶᠢᠨ 4 ᠤ ᠡᠳᠦᠷ᠂ ᠷᠠᠰᠢᠶᠠᠨ ᠬᠤᠲᠠ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ | ᠬᠤᠷᠠᠯ ᠵᠢᠴᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠡ᠃ ᠬᠤᠷᠡᠯ ᠲᠡᠭᠡᠷ᠎ᠡ᠂ ᠬᠢᠩᠭᠠᠨ ᠠᠶᠢᠮᠠᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠷᠠᠰᠢᠶᠠᠨ | ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠠᠶᠢᠮᠠᠭ ᠤᠨ ᠨᠠᠮ ᠤᠨ ᠬᠤᠷᠢᠶᠠᠨ ᠤ ᠬᠤᠶᠠᠳᠤᠭᠠᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠤᠯᠪᠣᠭᠳᠠᠯ | ᠪᠦᠬᠦᠢ ᠬᠥᠮᠦᠰ ᠬᠤᠷᠠᠯ ᠳᠤ ᠰᠤᠯᠠ ᠣᠷᠣᠯᠴᠠᠪᠠ᠃ ᠪᠥᠬᠦ ᠬᠤᠲᠠ ᠶᠢᠨ ᠭᠠᠵᠠᠷ ᠤᠨ ᠲᠠᠰ ᠤᠨ ᠤᠳᠤᠷᠢᠳᠤᠯᠭ᠎ᠠ᠂ | ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ᠂ ᠬᠤᠲᠠ ᠶᠢᠨ ᠨᠠᠮ ᠤᠨ | ᠬᠤᠷᠢᠶᠠᠨ ᠤ ᠰᠤᠷᠤᠯᠴᠠᠯᠭ᠎ᠠ ᠬᠥᠮᠦᠵᠢᠯ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠪᠠ ᠠᠵᠢᠯ ᠤᠨ ᠲᠤᠰᠬᠠᠶ | ᠠᠩᠭᠢ ᠶᠢᠨ ᠪᠥᠬᠦ ᠨᠥᠬᠦᠳ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠾᠧᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ | ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠰᠤᠷᠤᠯᠴᠠᠯᠭ᠎ᠠ | ᠬᠥᠮᠦᠵᠢᠯ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠲᠦᠪ | ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ | ᠮᠡᠳᠡᠭᠳᠡᠵᠦ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠪᠡ᠃ | ᠶᠠᠩ ᠶᠦᠩ ᠵᠢᠦ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠤᠨ ᠲᠦᠪ ᠬᠤᠷᠢᠶᠠᠨ ᠤ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠭᠰᠠᠨ ᠰᠤᠷᠤᠯᠴᠠᠯᠭ᠎ᠠ ᠬᠥᠮᠦᠵᠢᠯ ᠤᠨ | ᠦᠷ᠎ᠡ ᠪᠦᠲᠦᠮᠵᠢ ᠶᠢ ᠡᠷᠭᠢᠴᠡᠭᠦᠯᠪᠡ᠃ ᠲᠡᠷᠡ᠂ ᠪᠥᠬᠦ ᠬᠤᠲᠠ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ ᠶᠢ ᠪᠠᠷᠢᠮᠲᠠᠯᠠᠨ᠂ ᠶᠡᠷᠦᠩᠬᠡᠶ ᠱᠦᠵᠢ ᠰᠢ ᠶᠢᠨ | ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ | ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠴᠥᠬᠦᠷᠡᠰᠢ ᠥᠬᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠣᠯᠤᠭ᠎ᠠ ᠶᠢ ᠴᠢᠩᠭ᠎ᠠ | ᠠᠳᠬᠤᠬᠤ︾ ᠦᠷ᠎ᠡ ᠪᠦᠲᠦᠮᠵᠢ ᠲᠤᠷᠰᠢᠯᠭ᠎ᠠ ᠶᠢ ᠪᠥᠬᠦ ᠲᠠᠯ᠎ᠠ ᠪᠠᠷ ᠰᠠᠶᠢᠲᠤᠷ ᠰᠤᠷᠤᠯᠴᠠᠨ ᠬᠡᠷᠡᠭᠯᠡᠵᠦ᠂ | ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ | ᠬᠡᠷᠡᠭᠲᠡᠶ᠃ ᠬᠡᠷᠡᠭ ᠢᠶᠠᠷ ᠲᠤᠯᠢ ᠪᠣᠯᠭᠠᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠪᠠ ᠦᠢᠯᠡ ᠠᠵᠢᠯᠯᠠᠭ᠎ᠠ ᠪᠠᠨ | ᠭᠦᠨᠵᠡᠭᠡᠶᠢᠷᠡᠭᠦᠯᠵᠦ᠂ ᠨᠠᠮᠴᠢ ᠴᠢᠨᠠᠷ ᠢᠶᠠᠨ ᠤᠯᠠᠮ ᠴᠢᠨᠠᠭᠰᠢᠳᠠ ᠳᠠᠪᠲᠠᠨ ᠪᠣᠯᠪᠠᠰᠤᠷᠠᠭᠤᠯᠵᠤ᠂ ᠵᠣᠷᠢᠯᠲᠠ ᠶᠢᠨ | ᠤᠬᠠᠮᠰᠠᠷ ᠢᠶᠠᠨ ᠪᠠᠲᠤ ᠪᠤᠢ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠡᠭᠦᠷᠭᠡᠯᠡᠯ ᠢᠶᠠᠨ | ᠴᠢᠩᠭᠠᠳᠬᠠᠵᠤ᠂ ᠺᠠᠳ᠋ᠷ ᠤᠨ ᠡᠩᠨᠡᠭᠡᠨ ᠤ ᠰᠤᠷᠲᠠᠯ ᠢ ᠴᠢᠨᠠᠭᠰᠢᠳᠠ ᠰᠢᠯᠢᠳᠡᠭᠵᠢᠭᠦᠯᠬᠦ ᠶᠢ ᠪᠦᠬᠦ ᠬᠦᠴᠦᠨ ᠢᠶᠠᠷ ᠢᠶᠠᠨ | ᠠᠬᠢᠭᠤᠯᠬᠤ ᠬᠡᠷᠡᠭᠲᠡᠢ᠃ ᠬᠠᠷᠠᠯᠲᠠ ᠡᠭᠦᠷᠭᠡ ᠪᠠᠨ ᠨᠠᠷᠢᠯᠢᠭᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ | ᠴᠢᠩᠭᠠᠳᠬᠠᠨ᠂ ︽ᠵᠢᠷᠭᠤᠭᠠᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ᠰᠤᠷᠤᠯᠴᠠᠯᠭ᠎ᠠ ᠶᠢᠨ ᠶᠠᠰᠤ | ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ | ᠥᠭᠡᠷᠡᠴᠢᠯᠡᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠣᠨ᠂ ᠡᠰᠡᠷᠭᠦ ᠲᠠᠯ᠎ᠠ ᠶᠢᠨ ᠨᠡᠶᠢᠲᠡᠯᠢᠭ | ᠵᠢᠱᠢᠶ᠎ᠡ ᠶᠢ ᠴᠢᠩᠭ᠎ᠠ ᠠᠳᠬᠤᠵᠤ᠂ ᠰᠤᠷᠤᠯᠴᠠᠯᠭ᠎ᠠ ᠬᠥᠮᠦᠵᠢᠯ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠶ ᠲᠥᠯᠥᠪᠯᠡᠵᠢᠬᠦᠯᠣᠨ᠂ ᠮᠠᠨ ᠤ ᠬᠤᠲᠠ ᠶᠢᠨ ᠰᠤᠷᠤᠯᠴᠠᠯᠭ᠎ᠠ ᠬᠥᠮᠦᠵᠢᠯ ᠤᠨ ︽ᠲᠤᠯᠤᠭᠠᠨ ᠰᠢᠨ᠎ᠡ | ᠬᠤᠪᠢᠷᠠᠯᠲᠠ︾ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠨᠠᠮ ᠤᠨ ᠪᠠᠶᠢᠭᠤᠯᠤᠯᠲᠠ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ︽ | ᠲᠠᠪᠤᠨ ᠶᠡᠭᠡ ᠡᠭᠦᠷᠭᠡ︾᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ᠂ | ᠵᠢᠭᠤᠯᠴᠢᠯᠠᠯ ᠤᠨ ᠵᠠᠬ᠎ᠠ ᠳᠡᠯᠭᠡᠭᠦᠷ ᠢ ᠵᠢᠷᠤᠮᠵᠢᠭᠤᠯᠤᠨ ᠳᠡᠭᠡᠭᠰᠢᠯᠡᠭᠦᠯᠬᠦ ᠵᠡᠷᠭᠡ ᠠᠵᠢᠯ ᠢ ᠲᠤᠬᠢᠷᠠᠭᠤᠯᠤᠨ | ᠪᠠᠶᠢᠷᠢᠯᠠᠭᠤᠯᠵᠠᠢ᠃ | |