6 ᠰᠠᠷ᠎ᠠ ᠶᠢᠨ 5 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ | ᠵᠢᠦ ᠷᠠᠰᠢᠶᠠᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠬᠤᠳᠡ ᠶᠢᠨ ᠨᠢᠭᠡᠳᠦᠭᠡᠷ ᠳᠤᠮᠳᠠᠳᠤ | ᠰᠤᠷᠭᠠᠭᠤᠯᠢ ᠪᠠᠷ ᠬᠦᠷᠴᠦ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠣᠯᠣᠰ ᠤᠨ | ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ᠃ | ᠶᠠᠩ ᠶᠦᠩ ᠵᠢᠦ ᠰᠢᠯᠭᠠᠯᠲᠠ ᠶᠢᠨ ᠬᠠᠭᠤᠳᠠᠰᠤ ᠶᠢᠨ ᠨᠢᠭᠤᠴᠠ ᠶᠢ ᠬᠠᠮᠠᠭᠠᠯᠠᠬᠤ ᠲᠠᠰᠤᠭ᠂ ᠰᠢᠯᠭᠠᠯᠲᠠ ᠶᠢᠨ | ᠭᠠᠵᠡᠷ ᠤᠨ ᠰᠢᠯᠭᠠᠯᠲᠠ ᠶᠢᠨ ᠶᠠᠪᠤᠳᠠᠯ ᠤᠨ ᠲᠠᠰᠤᠭ᠂ ᠬᠢᠨᠠᠨ ᠡᠵᠡᠮᠳᠡᠬᠦ ᠲᠠᠰᠤᠭ᠂ ᠣᠶᠤᠨᠴᠢ ᠠᠮᠤᠷ ᠲᠦᠪᠰᠢᠨ ᠤ | ᠪᠠᠶᠢᠴᠠᠭᠠᠯᠲᠠ ᠵᠡᠷᠭᠡ ᠣᠷᠣᠨ ᠲᠣᠭᠤᠷᠢᠭ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠢᠯᠭᠠᠯᠲᠠ ᠶᠢᠨ | ᠶᠠᠪᠤᠳᠠᠯ ᠤᠨ ᠵᠣᠬᠢᠶᠠᠨ ᠪᠠᠶᠢᠭᠤᠯᠤᠯᠲᠠ ᠶᠢᠨ ᠪᠣᠯᠪᠠᠰᠤᠷᠠᠯ᠂ ᠰᠢᠯᠭᠠᠯᠲᠠ ᠶᠢᠨ ᠬᠠᠭᠤᠳᠠᠰᠤ ᠶᠢ ᠬᠠᠳᠠᠭᠠᠯᠠᠨ | ᠲᠠᠷᠬᠠᠭᠠᠬᠤ᠂ ᠰᠢᠯᠭᠠᠭᠤᠯᠤᠭᠰᠠᠳ ᠲᠤ ᠦᠢᠯᠡᠴᠢᠯᠡᠬᠦ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠵᠡᠷᠭᠡ ᠠᠵᠢᠯ ᠢ ᠨᠠᠷᠢᠨ ᠣᠶᠢᠯᠠᠭᠠᠪᠠ᠃ | ᠶᠠᠩ ᠶᠦᠩ ᠵᠢᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠪᠣᠯ ᠪᠦᠬᠦ ᠨᠡᠶᠢᠭᠡᠮ ᠤᠨ | ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠲᠦᠭ ᠲᠦᠮᠡᠨ | ᠭᠡᠷ ᠪᠦᠯᠢ ᠶᠢᠨ ᠴᠢᠩ ᠰᠡᠳᠬᠢᠯ ᠤᠨ ᠬᠦᠰᠡᠯ ᠡᠷᠡᠮᠡᠯᠵᠡᠯ ᠢ ᠠᠴᠢᠶᠠᠯᠠᠵᠤ᠂ ᠵᠠᠯᠠᠭᠤ ᠰᠤᠷᠤᠭᠴᠢᠳ ᠤᠨ ᠬᠦᠮᠣᠨ ᠤ | ᠠᠮᠢᠳᠤᠷᠠᠯ ᠤᠨ ᠬᠦᠰᠡᠯᠡᠩ ᠲᠠᠢ ᠬᠤᠯᠪᠣᠭᠳᠠᠬᠤ ᠪᠠᠶᠢᠳᠠᠭ ᠶᠠᠪᠣᠳᠡᠯ ᠪᠣᠯᠣᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ | ᠬᠠᠷᠢᠭᠤᠴᠠᠬᠤ ᠣᠪᠣᠷ ᠪᠣᠯᠤᠨ ᠴᠢᠩᠭ᠎ᠠ ᠨᠢᠮᠪᠠᠢ ᠰᠤᠷᠲᠠᠯ ᠢᠶᠠᠷ ᠪᠡᠯᠡᠳᠬᠡᠯ ᠠᠵᠢᠯ ᠢ ᠨᠠᠷᠢᠨ ᠪᠣᠳᠠᠲᠠᠢ | ᠨᠠᠶᠢᠳᠠᠪᠤᠷᠢᠵᠢᠭᠤᠯᠬᠤ ᠬᠡᠷᠡᠭᠲᠡᠢ᠃ ᠰᠢᠯᠭᠠᠯᠲᠠ ᠳᠤ ᠬᠤᠯᠪᠣᠭᠳᠠᠭᠰᠠᠨ ᠪᠥᠬᠦ ᠶᠠᠪᠤᠴᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠰᠢᠯᠭᠠᠯᠲᠠ ᠶᠢᠨ ᠬᠠᠭᠤᠳᠠᠰᠤ ᠶᠢᠨ ᠠᠮᠤᠷ ᠲᠦᠪᠰᠢᠨ᠂ ᠰᠢᠯᠭᠠᠯᠲᠠ ᠶᠢᠨ | ᠲᠠᠯᠠᠪᠠᠶ ᠶᠢᠨ ᠲᠣᠨᠤᠭ ᠲᠥᠬᠦᠭᠡᠷᠦᠮᠵᠢ᠂ ᠰᠢᠯᠭᠠᠯᠲᠠ ᠶᠢᠨ ᠶᠠᠪᠤᠳᠠᠯ ᠤᠨ ᠵᠣᠬᠢᠶᠠᠨ ᠪᠠᠶᠢᠭᠤᠯᠤᠯᠲᠠ ᠵᠡᠷᠭᠡ | ᠵᠠᠩᠭᠢᠯᠠᠭ᠎ᠠ ᠶᠢᠨ ᠭᠤᠭᠴᠤᠭ᠎ᠠ ᠶᠢᠨ ᠠᠶᠤᠯ ᠲᠦᠭᠰᠢᠭᠦᠷᠢ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ | ᠂ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠪᠡᠯᠡᠳᠬᠡᠯ ᠲᠥᠰᠦᠯ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ | ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠣᠯᠣᠰ ᠤᠨ ᠨᠢᠭᠡᠳᠦᠯᠲᠡᠶ ᠰᠢᠯᠭᠠᠯᠲᠠ ᠶᠢᠨ ᠠᠮᠤᠷ ᠲᠣᠭᠲᠠᠭᠤᠨ | ᠂ ᠤᠷᠤᠭᠰᠢᠲᠠᠶ ᠲᠡᠭᠦᠰ ᠠᠮᠵᠢᠯᠲᠠ ᠲᠠᠢ ᠶᠠᠪᠣᠬᠳᠡᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠯᠭᠠᠭᠤᠯᠤᠭᠴᠢᠳ | ᠲᠤ ᠦᠢᠯᠡᠴᠢᠯᠡᠬᠦ ᠪᠠᠲᠤᠯᠠᠭ᠎ᠠ ᠶᠢ ᠴᠢᠩᠭᠠᠳᠬᠠᠵᠤ᠂ ᠪᠣᠳᠠᠲᠠᠢ ᠬᠡᠷᠡᠭᠴᠡᠭᠡ ᠠᠴᠠ ᠡᠭᠦᠰᠴᠦ᠂ ᠠᠮᠤᠷ ᠢ ᠬᠠᠮᠠᠭᠠᠯᠠᠬᠤ | ᠬᠠᠮᠢᠶᠠᠷᠤᠯᠲᠠ᠂ ᠱᠤᠤᠭᠢᠶᠠᠨ ᠤ ᠵᠠᠰᠠᠯᠲᠠ᠂ ᠢᠳᠡᠭᠡᠨ ᠣᠮᠳᠡᠭᠠᠨ ᠤ ᠠᠮᠤᠷ ᠲᠦᠪᠰᠢᠨ᠂ ᠡᠮ ᠡᠮᠨᠡᠯᠭᠡ ᠶᠢᠨ | ᠪᠠᠲᠤᠯᠠᠭ᠎ᠠ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠣᠨ᠂ ᠰᠢᠯᠭᠠᠭᠤᠯᠤᠭᠴᠢᠳ ᠲᠤ ᠡᠷᠬᠡ ᠲᠡᠭᠰᠢ᠂ ᠠᠮᠤᠷ | ᠲᠦᠪᠰᠢᠨ᠂ ᠲᠠᠭᠠᠯᠠᠮᠵᠢᠲᠠᠢ ᠰᠢᠯᠭᠠᠯᠲᠠ ᠶᠢᠨ ᠣᠷᠴᠢᠨ ᠲᠣᠭᠤᠷᠢᠨ ᠢ ᠡᠬᠦᠳᠴᠣ᠂ ᠰᠢᠯᠭᠠᠭᠤᠯᠤᠭᠰᠠᠳ ᠢ | ᠬᠠᠮᠤᠭ ᠤᠨ ᠰᠠᠶᠢᠨ ᠪᠠᠶᠢᠳᠠᠯ ᠢᠶᠠᠷ ᠰᠢᠯᠭᠠᠯᠲᠠ ᠶᠢ ᠤᠭᠲᠤᠨ᠂ ᠰᠢᠯᠢᠳᠡᠭ ᠠᠮᠵᠢᠯᠲᠠ ᠣᠯᠬᠤ ᠪᠠᠷ ᠴᠢᠷᠮᠠᠶᠢᠬᠤ | ᠬᠡᠷᠡᠭᠲᠡᠢ ᠬᠡᠵᠡᠢ᠃ | ᠬᠤᠲᠠ ᠶᠢᠨ ᠤᠳᠤᠷᠢᠳᠤᠯᠭ᠎ᠠ ᠡᠷᠬᠢᠮᠲᠦ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ | ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |