ᠷᠠᠰᠢᠶᠠᠨ ᠬᠤᠲᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠠᠩᠬᠠᠨ ᠤ ᠰᠢᠯᠭᠠᠯᠲᠠ ᠶᠢ ᠤᠭᠲᠤᠵᠠᠢ
ᠨᠡᠶᠢᠲᠡᠯᠡᠭᠰᠡᠨ ᠴᠠᠭ᠄
2025/6/9
    6 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠠᠩᠬ᠎ᠠ ᠰᠢᠯᠭᠠᠨ ᠪᠠᠶᠢᠴᠠᠭᠠᠬᠤ ᠳᠤᠭᠤᠶᠢᠯᠠᠩ ᠤᠨ ᠬᠢᠨ ᠷᠠᠰᠢᠶᠠᠨ ᠬᠤᠲᠠ ᠪᠠᠷ ᠢᠷᠡᠵᠣ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠩᠬ᠎ᠠ ᠠᠯᠬᠤᠮ ᠬᠠᠷᠭᠤᠭᠤᠯᠤᠨ ᠪᠠᠶᠢᠴᠠᠭᠠᠪᠠ᠃ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ᠂ ᠬᠢᠩᠭᠠᠨ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠶᠢᠮᠠᠭ ᠤᠨ ᠳᠡᠳ᠋ ᠳᠠᠷᠤᠭ᠎ᠠ ᠵᠠᠩ ᠶᠦᠩ ᠴᠢᠶᠠᠩ᠂ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠮᠠ ᠵᠢᠢ ᠴᠧᠩ ᠪᠠᠷ᠎ᠠ ᠪᠣᠯᠪᠠ᠃    ᠰᠢᠯᠭᠠᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠳᠤᠮᠳᠠᠳᠤ ᠶᠢᠨ ᠰᠣᠶᠣᠯ ᠤᠨ ᠬᠥᠮᠦᠵᠢᠯ᠂ ᠶᠠᠷᠢᠶᠠᠨ ᠤ ᠲᠠᠪᠴᠠᠩ ᠤᠨ ᠲᠥᠪ᠂ ᠰᠢᠨ ᠴᠧᠩ ᠵᠡᠭᠡᠯᠢ ᠶᠢᠨ ᠰᠧᠨᠸᠠᠩ ᠨᠡᠶᠢᠭᠡᠮ ᠲᠣᠭᠤᠷᠢᠭ᠂ ᠬᠢᠯᠢ ᠶᠢᠨ ᠪᠣᠭᠤᠮᠲᠠ ᠵᠡᠷᠭᠡ ᠭᠠᠵᠠᠷ ᠢᠶᠠᠷ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠦᠬᠦᠢ ᠮᠠᠲ᠋ᠧᠷᠢᠶᠠᠯ ᠲᠠᠩᠰᠠ ᠡᠪᠬᠡᠮᠡᠯ ᠢ ᠪᠠᠶᠢᠴᠠᠭᠠᠨ ᠦᠵᠡᠵᠦ᠂ ᠡᠭᠦᠳᠦᠨ ᠪᠠᠶᠢᠭᠤᠯᠬᠤ ᠠᠵᠢᠯ ᠤᠨ ᠪᠠᠶᠢᠳᠠᠯ ᠤᠨ ᠲᠣᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠭᠰᠠᠨ ᠪᠥᠭᠡᠳ ᠵᠢᠯᠣᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃    ᠠᠩᠬ᠎ᠠ ᠰᠢᠯᠭᠠᠨ ᠪᠠᠶᠢᠴᠠᠭᠠᠬᠤ ᠳᠤᠭᠤᠶᠢᠯᠠᠩ᠂ ᠷᠠᠰᠢᠶᠠᠨ ᠬᠤᠲᠠ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠣᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠡᠭᠦᠳᠦᠨ ᠪᠠᠶᠢᠭᠤᠯᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠶ᠃ ᠬᠤᠲᠠ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠵᠢᠭᠤᠯᠴᠢᠯᠠᠯ ᠤᠨ ︽ᠡᠯ᠎ᠠ ᠦᠨᠳᠣᠰᠣᠳᠡᠨ ᠨᠦᠭᠦᠳ ᠤᠨ ᠶᠠᠪᠣᠯᠴᠠᠭ᠎ᠠ ᠰᠣᠯᠢᠯᠴᠠᠭ᠎ᠠ ᠠᠭᠤᠰᠣᠯᠴᠠᠯ ᠢ ᠠᠬᠢᠭᠤᠯᠬᠤ︾ ᠥᠪᠡᠷᠮᠢᠴᠡ ᠣᠨᠴᠠᠯᠢᠬᠳᠣ ᠬᠢᠯᠠᠰ ᠴᠡᠭ ᠢ ᠭᠦᠢᠴᠡᠳ ᠠᠭᠤᠳᠠᠯᠵᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠳᠠᠪᠠᠭᠤᠯᠢᠭ ᠲᠤ ᠲᠦᠰᠢᠭᠯᠡᠨ᠂ ᠠᠵᠢᠯ ᠤᠨ ᠲᠤᠷᠰᠢᠯᠭ᠎ᠠ ᠪᠠᠨ ᠪᠥᠬᠦ ᠲᠠᠯ᠎ᠠ ᠪᠠᠷ ᠳ᠋ᠦᠩᠨᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠨᠠᠩ ᠭᠦᠨ ᠳᠠᠪᠬᠤᠷᠭ᠎ᠠ᠂ ᠨᠠᠩ ᠥᠷᠭᠡᠨ ᠬᠦᠷᠢᠶ᠎ᠡ ᠬᠡᠪᠴᠢᠶ᠎ᠠ ᠲᠡᠰᠢ ᠤᠷᠤᠭᠰᠢᠯᠠᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠠᠵᠢᠯ ᠤᠨ ᠲᠣᠭᠲᠠᠴᠠ ᠪᠣᠯᠤᠨ ᠠᠵᠢᠯᠯᠠᠭ᠎ᠠ ᠶᠢᠨ ᠠᠴᠢᠶᠠᠯᠠᠪᠤᠷᠢ ᠶᠢᠨ ᠰᠢᠨ᠎ᠡ ᠶᠢ ᠤᠯᠠᠮ ᠨᠢᠭᠡ ᠠᠯᠬᠤᠮ ᠡᠭᠦᠳᠴᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ ᠤᠬᠠᠭᠤᠯᠭ᠎ᠠ ᠬᠥᠮᠦᠵᠢᠯ ᠤᠨ ᠵᠢᠭᠰᠠᠭᠠᠯ ᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠤᠢᠢᠯᠠᠭᠠᠭᠳᠠᠬᠤᠨ ᠢ ᠬᠥᠮᠦᠰ ᠤᠨ ᠰᠡᠳᠬᠢᠯ ᠳᠤ ᠨᠡᠩ ᠬᠠᠳᠠᠩᠰᠢᠭᠤᠯᠬᠤ ᠬᠡᠷᠡᠭᠲᠡᠢ ᠭᠡᠵᠣ ᠱᠠᠭᠠᠷᠳᠡᠵᠡᠢ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号