ᠶᠠᠩ ᠶᠦᠩ ᠵᠢᠦ ᠰᠤᠷᠤᠯᠴᠠᠯᠭ᠎ᠠ ᠬᠥᠮᠦᠵᠢᠯ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2025/7/1
    6 ᠰᠠᠷ᠎ᠠ ᠶᠢᠨ 28 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠤᠷᠢᠳ ᠬᠤᠵᠢᠳ ᠪᠠᠢ ᠯᠠᠩ ᠪᠠᠯᠭᠠᠰᠤᠨ ᠤ ᠪᠠᠢ ᠬᠤᠸᠠ ᠯᠢᠨ ᠨᠡᠶᠢᠭᠡᠮ ᠲᠣᠭᠤᠷᠢᠭ᠂ ᠡᠤ ᠴᠠ ᠭᠸᠦ ᠪᠠᠯᠭᠠᠰᠤᠨ ᠤ ᠹᠦ᠋ ᠺᠠᠩ ᠨᠡᠶᠢᠭᠡᠮ ᠲᠣᠭᠤᠷᠢᠭ᠂ ᠮᠢᠩ ᠱᠦᠶ ᠾᠧ ᠪᠠᠯᠭᠠᠰᠤᠨ ᠤ ᠰᠢ ᠺᠧᠦ ᠨᠡᠶᠢᠭᠡᠮ ᠲᠣᠭᠤᠷᠢᠭ ᠪᠣᠯᠤᠨ ᠪᠠᠶ ᠯᠠᠩ ᠤᠨ ᠯᠢᠩ ᠳ᠋ᠢᠶᠠᠨ ᠵᠢᠷᠤᠭ ᠤᠨ ᠬᠤᠩᠭᠢᠯ᠂ ᠡᠤ ᠴᠠ ᠭᠸᠦ ᠢᠳᠡᠰᠢᠨ ᠮᠦᠬᠦ ᠶᠢᠨ ᠬᠦᠷᠢᠶᠡᠯᠡᠩ ᠲᠣᠭᠤᠷᠢᠭ᠂ ᠰᠧᠨ ᠯᠦ ᠥᠷᠲᠡᠭᠡ ᠵᠡᠷᠭᠡ ᠲᠥᠷᠥᠯ ᠵᠦᠢᠯ ᠤᠨ ᠲᠤᠬᠠᠶ ᠶᠢᠨ ᠲᠠᠯᠠᠪᠠᠶ ᠪᠠᠷ ᠬᠦᠷᠴᠦ᠂ ᠰᠤᠷᠤᠯᠴᠠᠯᠭ᠎ᠠ ᠬᠥᠮᠦᠵᠢᠯ᠂ ᠦᠨᠳᠦᠰᠦᠨ ᠱᠠᠲᠤᠨ ᠤ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃    ᠶᠠᠩ ᠶᠦᠩ ᠵᠢᠦ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠣᠨ᠂ ᠰᠤᠷᠤᠯᠴᠠᠯᠭ᠎ᠠ ᠬᠥᠮᠦᠵᠢᠯ ᠤᠨ ᠲᠠᠯ᠎ᠠ ᠪᠠᠷ ᠲᠠᠬᠢᠨ ᠴᠢᠩᠳᠠᠯᠠᠵᠤ᠂ ᠲᠠᠬᠢᠨ ᠭᠦᠨᠵᠡᠭᠡᠶᠢᠷᠡᠭᠦᠯᠣᠨ᠂ ᠲᠠᠬᠢᠨ ᠪᠣᠳᠠᠲᠠᠶᠢᠵᠢᠭᠤᠯᠵᠤ᠂ ︽ᠡᠷᠬᠢᠨ ᠬᠠᠷᠠᠬᠤ︾ ᠬᠥᠮᠦᠵᠢᠯ ᠢ ᠪᠦᠬᠦ ᠲᠠᠯ᠎ᠠ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠡᠭᠦᠳᠡ ᠪᠠᠨ ᠨᠡᠭᠡᠭᠡᠬᠦ ᠰᠤᠷᠭᠠᠨ ᠬᠥᠮᠦᠵᠢᠯ ᠢ ᠪᠠᠷᠢᠮᠲᠠᠯᠠᠨ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠵᠤ᠂ ᠰᠤᠷᠤᠯᠴᠠᠯᠭ᠎ᠠ ᠶᠢ ᠭᠦᠨᠵᠡᠭᠡᠶᠢᠷᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠰᠠᠭᠤᠳᠠᠯ ᠢ ᠡᠷᠢᠬᠦ ᠳᠡᠭᠡᠷ᠎ᠡ ᠬᠦᠴᠦ ᠲᠠᠯᠪᠢᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠲᠠᠯ᠎ᠠ ᠪᠠᠷ ᠪᠣᠳᠡᠳᠣ ᠦᠷ᠎ᠡ ᠪᠦᠳᠣᠮᠵᠢ ᠣᠯᠬᠤ ᠪᠠᠷ ᠴᠢᠷᠮᠠᠶᠢᠵᠣ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ ᠵᠡᠷᠭᠡ ᠠᠵᠢᠯ ᠤᠨ ᠭᠦᠨᠵᠡᠭᠡᠢ ᠠᠭᠤᠰᠤᠯᠴᠠᠯ ᠢ ᠲᠠᠰᠤᠷᠠᠯᠲᠠ ᠦᠭᠡᠢ ᠠᠬᠢᠭᠤᠯᠣᠨ᠂ ᠤᠯᠠᠨ ᠲᠦᠮᠡᠨ ᠳᠤ ᠰᠢᠨ᠎ᠡ ᠳᠦᠷᠰᠦ ᠪᠠᠶᠢᠳᠠᠯ ᠰᠢᠨ᠎ᠡ ᠬᠤᠪᠢᠷᠠᠯᠲᠠ ᠶᠢ ᠪᠠᠶᠠᠴᠢᠯᠡᠨ ᠣᠶᠢᠯᠠᠭᠠᠯᠠᠭᠤᠯᠬᠤ ᠬᠡᠷᠡᠭᠲᠡᠢ᠃ ᠲᠣᠭᠲᠠᠭᠠᠯ ᠠᠴᠠ ᠵᠥᠷᠢᠴᠡᠭᠰᠠᠨ ᠢᠳᠡᠵᠦ ᠤᠤᠭᠤᠬᠤ ᠠᠰᠠᠭᠤᠳᠡᠯ ᠤᠨ ᠠᠷᠬᠠᠭ ᠭᠡᠮ ᠢ ᠭᠦᠨᠵᠡᠭᠡᠶ ᠵᠠᠯᠠᠷᠠᠭᠤᠯᠤᠨ ᠵᠠᠰᠠᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠣᠨ᠂ ᠰᠡᠷᠡᠮᠵᠢᠯᠡᠭᠦᠯᠬᠦ ᠬᠥᠮᠦᠵᠢᠯ ᠦᠷᠨᠢᠬᠦᠯᠬᠦ ᠣᠳᠠᠭ᠎ᠠ ᠲᠤᠭ᠎ᠠ ᠶᠢ ᠣᠯᠠᠰᠢᠷᠡᠭᠤᠯᠵᠤ᠂ ᠥᠴᠦᠬᠡᠨ ᠴᠦ ᠠᠭᠤᠴᠢᠯᠠᠬᠤ ᠥᠬᠡᠶ ᠣᠪᠣᠷ ᠢᠶᠠᠷ ᠲᠣᠭᠲᠠᠭᠠᠯ ᠠᠴᠠ ᠵᠥᠷᠢᠴᠡᠭᠰᠠᠨ ᠢᠳᠡᠵᠦ ᠤᠤᠭᠤᠬᠤ ᠠᠰᠠᠭᠤᠳᠡᠯ᠂ ᠭᠠᠵᠢᠭᠤ ᠰᠤᠷᠲᠠᠯ ᠢ ᠵᠣᠭᠰᠣᠭᠠᠬᠤ ᠬᠡᠷᠡᠭᠲᠡᠶ᠃ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠣᠨ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡᠪᠡᠷ ᠴᠢᠬᠤᠯᠠᠴᠢᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠢᠳᠡᠪᠬᠢᠵᠢᠯ ᠴᠢᠨᠠᠷ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠨᠡᠩ ᠰᠠᠶᠢᠲᠤᠷ ᠬᠥᠭᠵᠢᠭᠡᠬᠦ ᠬᠡᠷᠡᠭᠲᠡᠢ᠃ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠥᠬᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠠᠷᠭ᠎ᠠ ᠪᠦᠬᠦᠨ ᠢ ᠰᠦᠪᠡᠭᠴᠢᠯᠡᠨ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠪᠠᠢ ᠯᠠᠩ ᠤᠨ ᠯᠢᠩ ᠳ᠋ᠢᠶᠠᠨ ᠵᠢᠷᠤᠭ ᠤᠨ ᠬᠤᠩᠬᠢᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠢ᠂ ᠦᠷ᠎ᠡ ᠪᠦᠲᠦᠮᠵᠢᠲᠡᠢ ᠪᠠᠷ ᠠᠬᠢᠭᠤᠯᠵᠤ᠂ ᠦ᠋ ᠴᠠ ᠭᠸᠤ ᠶᠢᠨ ᠢᠳᠡᠰᠢᠨ ᠮᠦᠬᠦ ᠶᠢᠨ ᠬᠦᠷᠢᠶᠡᠯᠡᠩ ᠲᠣᠭᠤᠷᠢᠭ ᠤᠨ ᠲᠡᠰ ᠳᠡᠪᠰᠢᠬᠦ ᠶᠢ ᠠᠬᠢᠭᠤᠯᠣᠨ᠂ ᠰᠧᠨ ᠯᠦ ᠦᠷᠳᠡᠭᠡ ᠶᠢᠨ ᠲᠦᠷᠦᠯ ᠵᠦᠢᠯ ᠤᠨ ᠪᠠᠶᠢᠩᠭᠤᠵᠢᠭᠰᠠᠨ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠨ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠪᠠ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号