ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ | ᠤᠯᠤᠰ ᠤᠨ ᠬᠢᠲᠠᠳ ᠡᠮ ᠡᠮᠨᠡᠯᠭᠡ ᠶᠢᠨ ᠲᠣᠪᠴᠢᠶ᠎ᠠ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠲᠣᠪᠴᠢᠶ᠎ᠠ ︽2025 ᠣᠨ ᠤ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠨᠡᠶᠢᠲᠡᠯᠡᠵᠦ᠂ 2025 ᠣᠨ ᠳᠤ᠂ ᠣᠯᠠᠨ ᠨᠡᠶᠢᠲᠡ ᠶᠢᠨ | ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠥᠮᠥᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢ ᠶᠢᠨ | ᠪᠠᠷᠢᠮᠵᠢᠶ᠎ᠠ ᠳᠤ ᠳᠠᠬᠢᠭᠠᠳ 5 ᠲᠥᠭᠦᠷᠢᠭ ᠨᠡᠮᠡᠵᠦ᠂ 99 ᠲᠥᠭᠦᠷᠢᠭ ᠪᠣᠯᠭᠠᠪᠠ᠃ | ᠰᠢᠨ᠎ᠡ ᠪᠠᠷ ᠨᠡᠮᠡᠭᠳᠡᠭᠦᠯᠦᠭᠰᠡᠨ ᠵᠠᠷᠤᠳᠠᠯ ᠢ ᠦᠢᠯᠡᠴᠢᠯᠡᠭᠡᠨ ᠤ ᠠᠭᠤᠯᠭ᠎ᠠ ᠶᠢ ᠤᠯᠠᠮ ᠨᠢᠭᠡ ᠠᠯᠬᠤᠮ | ᠰᠢᠯᠢᠳᠡᠭᠵᠢᠭᠦᠯᠬᠦ᠂ ᠦᠢᠯᠡᠴᠢᠯᠡᠭᠡᠨ ᠤ ᠤᠳᠠᠭ᠎ᠠ ᠲᠤᠭ᠎ᠠ ᠬᠢᠭᠡᠳ ᠳᠡᠰ ᠢ ᠳᠡᠭᠡᠭᠰᠢᠯᠡᠭᠦᠯᠬᠦ᠂ ᠦᠢᠯᠡᠴᠢᠯᠡᠭᠡᠨ ᠤ ᠴᠢᠨᠠᠷ | ᠴᠢᠨᠰᠠᠭ᠎ᠠ ᠶᠢ ᠪᠠᠲᠤᠯᠠᠬᠤ᠂ ᠤᠯᠠᠨ ᠲᠦᠮᠡᠨ ᠤ ᠲᠥᠷᠥᠭᠳᠡᠯ ᠢ ᠨᠡᠮᠡᠭᠳᠡᠭᠦᠯᠬᠦ ᠳᠤ ᠬᠡᠷᠡᠭᠯᠡᠨ᠎ᠡ᠃ ︽ᠨᠠᠰᠤᠲᠠᠨ ᠪᠠ | ᠨᠢᠯᠬ᠎ᠠ︾᠂ ᠴᠢᠰᠤᠨ ᠳᠠᠷᠤᠯᠲᠠ ᠥᠨᠳᠥᠷ ᠡᠪᠡᠳᠴᠢᠨ᠂ 2 ᠬᠡᠯᠪᠡᠷᠢᠲᠦ ᠰᠢᠬᠢᠷ ᠰᠢᠵᠢᠩ ᠡᠪᠡᠳᠴᠢᠨ᠂ ᠤᠳᠠᠭᠠᠨ | ᠴᠢᠨᠠᠷᠲᠠᠢ ᠲᠦᠭᠵᠢᠷᠡᠬᠦ ᠴᠢᠨᠠᠷᠲᠠᠢ ᠠᠭᠤᠰᠬᠢᠨ ᠡᠪᠡᠳᠴᠢᠨ ᠵᠡᠷᠭᠡ ᠤᠳᠠᠭᠠᠨ ᠴᠢᠨᠠᠷᠲᠠᠢ ᠡᠪᠡᠳᠴᠢᠲᠡᠨ ᠳᠤ | ᠠᠩᠬᠠᠷᠤᠯ ᠢᠶᠠᠨ ᠲᠥᠪᠯᠡᠷᠡᠭᠦᠯᠵᠦ᠂ ︽ᠬᠡᠦᠬᠡᠳ ᠤᠨ ᠰᠠᠯᠠᠭ᠎ᠠ ᠪᠠ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠣᠨ︾᠂ ︽ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠣᠨ︾ ᠵᠡᠷᠭᠡ ᠭᠤᠣᠯᠳᠠᠯᠭ᠎ᠠ ᠲᠠᠢ | ᠠᠵᠢᠯ ᠯᠤᠭ᠎ᠠ ᠤᠶᠠᠯᠳᠤᠭᠤᠯᠤᠨ᠂ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠬᠠᠮᠢᠶ᠎ᠠ ᠪᠦᠬᠦᠢ ᠭᠤᠣᠯᠳᠠᠯᠭ᠎ᠠ ᠪᠣᠯᠬᠤ ᠬᠥᠮᠥᠰ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠰᠠᠶᠢᠲᠤᠷ ᠬᠢᠨ᠎ᠡ᠃ | ︽ᠮᠡᠳᠡᠭᠳᠡᠯ︾ ᠳᠤ ᠲᠣᠳᠣᠷᠬᠠᠶᠢᠯᠠᠭᠰᠠᠨ ᠢᠶᠠᠷ᠂ ᠣᠯᠠᠨ ᠨᠡᠶᠢᠲᠡ ᠶᠢᠨ ᠦᠨᠳᠦᠰᠦᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠳᠤᠮᠳᠠ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ | ᠦᠢᠯᠡᠴᠢᠯᠡᠭᠡᠨ ᠤ ᠠᠭᠤᠯᠭ᠎ᠠ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ ᠡᠳᠦᠢ ᠲᠡᠳᠦᠢ ᠰᠢᠯᠢᠳᠡᠭᠵᠢᠪᠡ᠃ | ᠨᠢᠭᠡ ᠳᠤ᠂ ᠪᠡᠶ᠎ᠡ ᠶᠢᠨ ᠪᠠᠶᠢᠴᠠᠭᠠᠯᠲᠠ ᠶᠢᠨ ᠲᠦᠷᠦᠯ ᠵᠦᠢᠯ ᠢ ᠪᠠᠶᠠᠯᠢᠭᠵᠢᠭᠤᠯᠪᠠ᠃ 2025 | ᠣᠨ ᠠᠴᠠ ᠡᠬᠢᠯᠡᠨ᠂ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠰᠦᠢᠳᠬᠡᠯ ᠦᠯᠦ ᠬᠤᠷᠢᠶᠠᠬᠤ ᠪᠠᠶᠢᠴᠠᠭᠠᠯᠲᠠ ᠬᠢᠬᠦ ᠳᠤ ᠴᠡᠭᠡᠵᠢᠨ ᠬᠡᠰᠡᠭ ᠤᠨ ᠳ᠋ᠢᠭᠢᠳ᠋ᠴᠢᠯᠡᠭᠰᠡᠨ X ᠰᠠᠴᠤᠷᠠᠭ ᠤᠨ | ᠬᠡᠷᠡᠯ ᠵᠢᠷᠤᠭ ︵DR︶ ᠤᠨ ᠲᠥᠪ ᠬᠡᠰᠡᠭ ᠤᠨ ᠪᠠᠶᠢᠴᠠᠭᠠᠯᠲᠠ ᠪᠠ ᠰᠢᠬᠢᠷᠵᠢᠭᠰᠡᠨ ᠴᠢᠰᠤᠨ ᠤ ᠤᠯᠠᠭᠠᠨ | ᠤᠭᠤᠷᠠᠭ ᠤᠨ ᠪᠠᠶᠢᠴᠠᠭᠠᠯᠲᠠ ᠶᠢᠨ ᠠᠭᠤᠯᠭ᠎ᠠ ᠶᠢ ᠨᠡᠮᠡᠪᠡ᠃ | ᠬᠤᠶᠠᠷ ᠲᠤ᠂ ᠮᠡᠳᠡᠭᠡ ᠵᠠᠩᠭᠢ ᠶᠢ ᠬᠠᠷᠢᠭᠤ ᠲᠤᠰᠬᠠᠬᠤ ᠶᠢ ᠴᠢᠩᠭᠠᠳᠬᠠᠪᠠ᠃ ᠪᠡᠶ᠎ᠡ ᠶᠢᠨ | ᠪᠠᠶᠢᠴᠠᠭᠠᠯᠲᠠ ᠶᠢᠨ ᠡᠭᠦᠷᠭᠡ ᠶᠢ ᠡᠭᠦᠷᠭᠡᠯᠡᠵᠦ ᠪᠦᠬᠦᠢ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠨᠢ | ᠡᠷᠡᠭᠦᠯ ᠮᠡᠨᠳᠦ ᠶᠢᠨ ᠪᠠᠶᠢᠴᠠᠭᠠᠯᠲᠠ ᠬᠢᠭᠰᠡᠨ ᠦᠷ᠎ᠡ ᠳ᠋ᠦᠩ ᠢ ᠴᠠᠭ ᠲᠤᠬᠠᠢ ᠳᠤ ᠨᠢ ᠲᠣᠰ ᠬᠥᠮᠥᠨ ᠳᠤ ᠨᠢ ᠬᠠᠷᠢᠭᠤ | ᠲᠤᠰᠬᠠᠬᠤ ᠶᠢᠨ ᠬᠠᠮᠲᠤ ᠡᠷᠡᠭᠦᠯ ᠮᠡᠨᠳᠦ ᠶᠢᠨ ᠡᠯᠧᠺᠲ᠋ᠣᠨ ᠲᠠᠩᠰᠠ ᠡᠪᠬᠡᠮᠡᠯ ᠳᠤ ᠣᠷᠣᠭᠤᠯᠵᠤ᠂ ᠬᠡᠪ ᠤᠨ ᠪᠤᠰᠤ | ᠪᠠᠶᠢᠳᠠᠯ ᠢᠯᠡᠷᠡᠭᠰᠡᠳ ᠤᠨ ᠮᠡᠳᠡᠭᠡ ᠵᠠᠩᠭᠢ ᠶᠢ ᠬᠤᠯᠪᠣᠭᠳᠠᠯ ᠪᠦᠬᠦᠢ ᠲᠤᠰᠬᠠᠢ ᠡᠪᠡᠳᠴᠢᠨ ᠤ ᠬᠠᠮᠢᠶᠠᠷᠤᠯᠲᠠ ᠶᠢᠨ | ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠴᠠᠭ ᠲᠤᠬᠠᠢ ᠳᠤ ᠨᠢ ᠬᠦᠷᠭᠡᠨ᠎ᠡ᠃ | ᠭᠤᠷᠪᠠ ᠳᠤ᠂ ᠲᠥᠷᠥᠯ ᠪᠠ ᠲᠠᠰ ᠬᠤᠪᠢᠶᠠᠭᠰᠠᠨ ᠦᠢᠯᠡᠴᠢᠯᠡᠭᠡ ᠥᠷᠨᠢᠭᠦᠯᠦᠨ᠎ᠡ᠃ | ᠨᠠᠰᠤᠲᠠᠶᠢᠴᠤᠳ ᠤᠨ ᠨᠠᠰᠤ ᠵᠢᠯ᠂ ᠡᠷᠡᠭᠦᠯ ᠮᠡᠨᠳᠦ ᠶᠢᠨ ᠪᠠᠶᠢᠳᠠᠯ ᠵᠡᠷᠭᠡ ᠶᠢ ᠦᠨᠳᠦᠰᠦᠯᠡᠨ ᠨᠠᠷᠢᠯᠢᠭᠵᠢᠭᠤᠯᠤᠨ | ᠠᠩᠭᠢᠯᠠᠵᠤ᠂ ᠡᠷᠡᠭᠦᠯ ᠮᠡᠨᠳᠦ ᠶᠢᠨ ᠳᠡᠰ ᠬᠤᠪᠢᠶᠠᠭᠰᠠᠨ ᠦᠢᠯᠡᠴᠢᠯᠡᠭᠡ ᠬᠠᠩᠭᠠᠵᠤ᠂ ᠡᠷᠡᠭᠦᠯ ᠮᠡᠨᠳᠦ ᠶᠢᠨ | ᠲᠦᠭᠰᠢᠭᠦᠷᠢ ᠪᠠᠷ ᠨᠡᠯᠢᠶᠡᠳ ᠥᠨᠳᠥᠷ ᠨᠠᠰᠤᠲᠠᠶᠢᠴᠤᠳ ᠲᠤ ᠳᠠᠭᠠᠵᠤ ᠰᠤᠷᠪᠤᠯᠵᠢᠯᠠᠬᠤ ᠤᠳᠠᠭ᠎ᠠ ᠲᠤᠭ᠎ᠠ ᠬᠢᠭᠡᠳ | ᠳᠡᠰ ᠢ ᠨᠢ ᠵᠣᠬᠢᠴᠠᠩᠭᠤᠢ ᠪᠠᠷ ᠨᠡᠮᠡᠭᠳᠡᠭᠦᠯᠦᠨ᠎ᠡ᠃ | ᠤᠳᠠᠭᠠᠨ ᠴᠢᠨᠠᠷᠲᠠᠢ ᠡᠪᠡᠳᠴᠢᠲᠡᠨ ᠳᠤ ᠦᠨᠳᠦᠰᠦᠨ ᠱᠠᠲᠤᠨ ᠤ ᠦᠷᠭᠦᠯᠵᠢᠯᠡᠭᠰᠡᠨ ᠦᠢᠯᠡᠴᠢᠯᠡᠭᠡ ᠶᠢ | ᠴᠢᠩᠭᠠᠳᠬᠠᠬᠤ ᠲᠠᠯ᠎ᠠ ᠪᠠᠷ᠄ | ᠨᠢᠭᠡ᠂ ᠳᠡᠰ ᠬᠤᠪᠢᠶᠠᠭᠰᠠᠨ ᠦᠷᠭᠦᠯᠵᠢᠯᠡᠭᠰᠡᠨ ᠦᠢᠯᠡᠴᠢᠯᠡᠭᠡ᠃ ᠤᠳᠠᠭᠠᠨ ᠴᠢᠨᠠᠷᠲᠠᠢ ᠡᠪᠡᠳᠴᠢᠨ ᠤ | ᠪᠠᠶᠢᠳᠠᠯ ᠢ ᠡᠵᠡᠮᠳᠡᠭᠰᠡᠨ ᠲᠠᠯ᠎ᠠ ᠪᠠᠷ ᠨᠠᠮᠵᠢᠭᠤᠨ ᠪᠠᠶᠢᠳᠠᠯ ᠲᠠᠢ ᠪᠠᠶᠢᠭ᠎ᠠ ᠳᠤ ᠨᠢ᠂ ᠦᠨᠳᠦᠰᠦᠨ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠦᠢᠯᠡᠴᠢᠯᠡᠭᠡᠨ ᠤ ᠵᠢᠷᠤᠮᠵᠢᠯ ᠢ ᠦᠨᠳᠦᠰᠦᠯᠡᠨ ᠡᠷᠡᠭᠦᠯ ᠮᠡᠨᠳᠦ ᠶᠢᠨ | ᠦᠢᠯᠡᠴᠢᠯᠡᠭᠡ ᠪᠠ ᠳᠠᠭᠠᠵᠤ ᠰᠤᠷᠪᠤᠯᠵᠢᠯᠠᠬᠤ ᠶᠢ ᠥᠷᠨᠢᠭᠦᠯᠦᠨ᠎ᠡ︔ ᠡᠵᠡᠮᠳᠡᠭᠰᠡᠨ ᠲᠠᠯ᠎ᠠ ᠪᠠᠷ ᠨᠠᠮᠵᠢᠭᠤᠨ ᠪᠤᠰᠤ | ᠪᠠᠶᠢᠳᠠᠯ ᠲᠠᠢ ᠪᠠᠶᠢᠭ᠎ᠠ ᠳᠤ ᠨᠢ᠂ ᠳᠠᠭᠠᠵᠤ ᠰᠤᠷᠪᠤᠯᠵᠢᠯᠠᠬᠤ ᠤᠳᠠᠭ᠎ᠠ ᠲᠤᠭ᠎ᠠ ᠬᠢᠭᠡᠳ ᠳᠡᠰ ᠢ ᠨᠢ ᠨᠡᠮᠡᠭᠳᠡᠭᠦᠯᠵᠦ᠂ | ᠡᠪᠡᠳᠴᠢᠨ ᠤ ᠪᠠᠶᠢᠳᠠᠯ ᠤᠨ ᠬᠡᠷᠡᠭᠴᠡᠭᠡ ᠶᠢ ᠦᠨᠳᠦᠰᠦᠯᠡᠨ ᠴᠠᠭ ᠲᠤᠬᠠᠢ ᠳᠤ ᠨᠢ ᠳᠡᠭᠡᠳᠦ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠳᠤ ᠰᠢᠯᠵᠢᠭᠦᠯᠦᠨ ᠡᠮᠨᠡᠭᠦᠯᠬᠦ ᠶᠢᠨ ᠬᠠᠮᠲᠤ ᠮᠥᠷᠳᠡᠬᠦ ᠪᠤᠶᠤ ᠳᠠᠭᠠᠵᠤ ᠰᠤᠷᠪᠤᠯᠵᠢᠯᠠᠨ᠎ᠠ᠃ | ᠬᠤᠶᠠᠷ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠬᠠᠮᠵᠢᠯᠴᠠᠭᠰᠠᠨ ᠦᠢᠯᠡᠴᠢᠯᠡᠭᠡ᠃ ᠣᠯᠠᠨ | ᠵᠦᠢᠯ ᠤᠨ ᠡᠪᠡᠳᠴᠢᠨ ᠢ ᠬᠠᠮᠲᠤ ᠪᠠᠷ ᠰᠡᠷᠭᠡᠶᠢᠯᠡᠵᠦ ᠬᠠᠮᠲᠤ ᠪᠠᠷ ᠬᠠᠮᠢᠶᠠᠷᠬᠤ ᠶᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢ ᠦᠨᠳᠦᠰᠦᠯᠡᠨ ᠤᠳᠠᠭᠠᠨ ᠴᠢᠨᠠᠷᠲᠠᠢ ᠡᠪᠡᠳᠴᠢᠲᠡᠨ ᠤ | ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠬᠦᠰᠦᠨᠦᠭᠲᠦ ᠶᠢ ᠨᠡᠶᠢᠳᠬᠡᠨᠡ᠃ | ᠭᠤᠷᠪᠠ᠂ ᠡᠮᠲᠦ ᠪᠤᠰᠤ ᠨᠥᠯᠥᠭᠡᠯᠡᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠴᠢᠰᠤᠨ ᠳᠠᠷᠤᠯᠲᠠ | ᠥᠨᠳᠥᠷ᠂ 2 ᠬᠡᠯᠪᠡᠷᠢᠲᠦ ᠰᠢᠬᠢᠷ ᠰᠢᠵᠢᠩ ᠡᠪᠡᠳᠴᠢᠨ᠂ ᠴᠢᠰᠤᠨ ᠤ ᠥᠭᠡᠬᠦ ᠥᠨᠳᠥᠷᠵᠢᠭᠰᠡᠨ ᠬᠡᠮ᠂ ᠮᠠᠷᠢᠶᠠᠯᠠᠬᠤ | ᠬᠡᠮ ᠢ ᠢᠳᠡᠭᠡᠨ ᠤᠮᠳᠠᠭᠠᠨ ᠢᠶᠠᠷ ᠰᠠᠶᠢᠵᠢᠷᠠᠭᠤᠯᠬᠤ ᠪᠠ ᠬᠥᠳᠡᠯᠭᠡᠭᠡᠨ ᠤ ᠦᠨᠳᠦᠰᠦᠨ ᠱᠠᠲᠤᠨ ᠳᠠᠬᠢ ᠵᠢᠯᠤᠭᠤᠳᠬᠤ | ᠭᠤᠣᠯᠳᠠᠯᠭ᠎ᠠ ᠶᠢᠨ ᠬᠡᠷᠡᠭᠯᠡᠯᠲᠡ ᠶᠢ ᠠᠬᠢᠭᠤᠯᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠲᠤ ᠤᠳᠠᠭᠠᠨ | ᠴᠢᠨᠠᠷᠲᠠᠢ ᠡᠪᠡᠳᠴᠢᠲᠡᠨ ᠳᠤ ᠥᠪᠡᠷᠮᠢᠴᠡ ᠢᠳᠡᠭᠡᠨ ᠤᠮᠳᠠᠭᠠᠨ ᠪᠠ ᠬᠥᠳᠡᠯᠭᠡᠭᠡᠨ ᠤ ᠵᠢᠯᠤᠭᠤᠳᠬᠤ ᠰᠠᠨᠠᠭᠤᠯᠭ᠎ᠠ | ᠬᠠᠩᠭᠠᠨ᠎ᠠ᠃ |